《 ᠥᠪᠥᠷ ᠮᠣᠩᠭᠣᠯ ᠢ ᠳᠡᠮᠵᠢᠬᠦ ᠳᠡᠯᠡᠬᠡᠢ ᠶᠢᠨ ᠡᠳᠦᠷ 》 ᠲᠦ᠍ ᠮᠣᠩᠭᠤᠯ ᠤᠯᠤᠰ ᠤ᠋ᠨ ᠳᠥᠷᠪᠡᠳᠡᠬᠢ ᠶᠡᠷᠦᠩᠬᠡᠢᠯᠡᠭᠴᠢ ᠴ᠂ ᠡᠯᠪᠡᠭᠳᠣᠷᠵᠢ ᠡᠴᠡ

ᠰᠠᠢᠨ ᠪᠠᠢᠵᠠᠭᠠᠨ᠎ᠠ ᠤᠤ!

ᠥᠨᠥᠳᠥᠷ ᠥᠪᠥᠷ ᠮᠣᠩᠭᠣᠯᠴᠤᠳ ᠢ ᠳᠡᠮᠵᠢᠬᠦ ᠳᠡᠯᠡᠬᠡᠢ ᠶᠢᠨ ᠡᠳᠦᠷ᠃ ᠬᠠᠷᠢ ᠶᠢᠨ ᠳᠠᠷᠤᠯᠠᠯ ᠳᠤ ᠪᠠᠢᠭ᠎ᠠ ᠥᠪᠥᠷ ᠮᠣᠩᠭᠣᠯ ᠠᠬᠠᠨ ᠳᠡᠭᠦᠰ ᠢᠶᠡᠨ ᠳᠡᠮᠵᠢᠬᠦ ᠨᠢ ᠮᠣᠩᠭᠣᠯ ᠬᠦᠮᠦᠨ ᠦ ᠵᠢᠷᠦᠬᠡ ᠰᠡᠳᠬᠢᠯ ᠦᠨ ᠳᠠᠭᠤᠳᠠᠯᠭ᠎ᠠ ᠶᠤᠮ᠃ ᠴᠠᠴᠤᠭᠳᠠᠭᠰᠠᠨ ᠱᠠᠭ᠎ᠠ ᠰᠢᠭ ᠳᠡᠯᠡᠬᠡᠢ ᠶᠢᠨ ᠡᠩ ᠢᠶᠡᠷ ᠲᠠᠷᠠᠭᠰᠠᠨ ᠮᠣᠩᠭᠣᠯ ᠬᠦᠮᠦᠨ ᠪᠦᠷᠢ ᠮᠣᠩᠭᠣᠯ ᠤᠨ ᠪᠠᠶᠠᠯᠢᠭ᠃

ᠮᠣᠩᠭᠣᠯ ᠬᠦᠮᠦᠨ ᠦ ᠪᠠᠬᠠᠷᠬᠠᠯ ᠢ᠂ ᠤᠯᠠᠮᠵᠢᠯᠠᠯ ᠰᠤᠶᠤᠯ ᠢ᠂ ᠮᠣᠩᠭᠣᠯ ᠬᠦᠮᠦᠨ ᠦ ᠬᠡᠯᠡ ᠶᠢ᠂ ᠪᠢᠴᠢᠭ ᠢ ᠤᠰᠠᠳᠬᠠᠬᠤ᠂ ᠬᠠᠪᠴᠢᠨ ᠪᠣᠭᠣᠬᠤ ᠪᠠᠯᠠᠮᠠᠳ ᠰᠠᠨᠠᠭᠠᠷᠬᠠᠯ ᠪᠣᠯ ᠬᠦᠮᠦᠨ ᠲᠥᠷᠥᠯᠬᠢᠲᠡᠨ ᠦ ᠡᠰᠡᠷᠡᠭ ᠭᠡᠮᠲᠦ ᠦᠢᠯᠡᠳᠦᠯ᠃ ᠥᠪᠥᠷ ᠮᠣᠩᠭᠣᠯᠴᠤᠳ ᠪᠣᠯ ᠥᠪᠡᠷ ᠦᠨ ᠡᠴᠢᠭᠡ ᠡᠪᠦᠭᠡᠳ ᠦᠨ ᠲᠥᠷᠦᠯᠬᠢ ᠨᠤᠲᠤᠭ ᠲᠤ ᠪᠠᠨ ᠮᠣᠷᠢ ᠪᠠᠨ ᠤᠨᠤᠵᠤ᠂ ᠭᠡᠷ ᠢᠶᠡᠨ ᠪᠠᠷᠢᠵᠤ ᠲᠡᠦᠬᠡ ᠪᠡᠨ ᠲᠤᠭᠤᠷᠪᠢᠵᠤ ᠦᠶ᠎ᠡ ᠶᠢᠨ ᠦᠶ᠎ᠡ ᠳᠦ ᠠᠮᠢᠳᠤᠷᠠᠵᠤ ᠪᠠᠢᠭ᠎ᠠ ᠬᠦᠮᠦᠰ᠃ ᠮᠣᠩᠭᠣᠯ ᠬᠡᠯᠡ ᠪᠡᠷ ᠢᠶᠡᠨ ᠶᠠᠷᠢᠳᠠᠭ᠂ ᠮᠣᠩᠭᠣᠯ ᠪᠢᠴᠢᠭ ᠢᠶᠡᠷ ᠢᠶᠡᠨ ᠪᠢᠴᠢᠳᠡᠭ ᠮᠣᠩᠭᠣᠯ ᠬᠦᠮᠦᠰ᠃

ᠮᠣᠩᠭᠣᠯ ᠬᠡᠯᠡ ᠪᠢᠴᠢᠭ ᠢ ᠮᠣᠩᠭᠣᠯ ᠬᠥᠮᠦᠨ ᠡᠴᠡ ᠰᠠᠯᠭᠠᠬᠤ ᠣᠷᠣᠯᠳᠤᠯᠭ᠎ᠠ ᠪᠣᠯ ᠲᠡᠭᠡᠭᠡᠵᠦ ᠲᠥᠷᠦᠭᠦᠯᠦᠭᠰᠡᠨ ᠡᠬᠡ ᠶᠢ ᠨᠢ ᠦᠷ᠎ᠡ ᠬᠡᠦᠬᠡᠳ ᠡᠴᠡ ᠨᠢ ᠪᠤᠯᠢᠶᠠᠬᠤ ᠲᠠᠢ ᠠᠳᠠᠯᠢ ᠪᠤᠰᠤᠷᠮᠠᠭ ᠬᠡᠷᠡᠭ᠃ ᠮᠣᠩᠭᠣᠯ ᠬᠡᠯᠡ ᠪᠢᠴᠢᠭ ᠪᠣᠯ ᠮᠣᠩᠭᠣᠯ ᠬᠦᠮᠦᠨ ᠦ ᠠᠮᠠᠯᠠᠵᠤ᠂ ᠬᠥᠬᠥᠵᠦ ᠥᠰᠳᠡᠭ ᠴᠠᠭᠠᠨ ᠰᠦ᠋᠃ ᠮᠣᠩᠭᠣᠯ ᠬᠡᠦᠬᠡᠳ ᠦᠨ ᠮᠣᠩᠭᠣᠯ ᠬᠡᠯᠡ ᠪᠡᠨ᠂ ᠮᠣᠩᠭᠣᠯ ᠪᠢᠴᠢᠭ ᠢᠶᠡᠨ ᠰᠤᠷᠬᠤ ᠡᠷᠬᠡ ᠶᠢ ᠬᠢᠨ ᠴᠦ᠍ ᠬᠠᠰᠤᠬᠤ ᠶᠣᠰᠣ ᠦᠭᠡᠢ᠃

ᠮᠣᠩᠭᠣᠯ ᠬᠦᠮᠦᠨ ᠦ ᠡᠷᠬᠡ᠂ ᠮᠣᠩᠭᠣᠯ ᠬᠡᠦᠬᠡᠳ ᠦᠨ ᠡᠷᠬᠡ ᠪᠣᠯ ᠪᠤᠰᠤᠳ ᠬᠦᠮᠦᠨ ᠬᠡᠦᠬᠡᠳ ᠦᠨ ᠬᠢ ᠲᠡᠢ ᠠᠳᠠᠯᠢ ᠣᠯᠠᠨ ᠤᠯᠤᠰ ᠤᠨ ᠬᠠᠤᠯᠢ ᠪᠠᠷ ᠬᠠᠮᠠᠭᠠᠯᠠᠭᠳᠠᠭᠰᠠᠨ ᠬᠥᠮᠦᠨ ᠦ᠌ ᠡᠷᠬᠡ ᠶᠤᠮ᠃ ᠬᠢᠲᠠᠳ ᠤᠨ ᠦᠨᠳᠦᠰᠦᠨ ᠬᠠᠤᠯᠢᠨ ᠳ᠋ᠤ᠌ ᠲᠣᠳᠤᠷᠬᠠᠢᠯᠠᠭᠰᠠᠨ ᠢ᠋ᠶ᠋ᠠᠷ ᠦᠨᠳᠦᠰᠦᠨ ᠦ ᠴᠥᠭᠡᠩᠬᠢ ᠡᠬᠡ ᠬᠡᠯᠡ᠂ ᠪᠢᠴᠢᠭ ᠢᠶᠡᠨ ᠬᠡᠷᠡᠭᠯᠡᠬᠦ᠂ ᠬᠥᠭᠵᠢᠭᠦᠯᠬᠦ ᠪᠥᠷᠢᠨ ᠡᠷᠬᠡ ᠲᠡᠢ᠃ ᠬᠦᠮᠦᠨ ᠲᠥᠷᠦᠯᠬᠢᠲᠡᠨ ᠦ ᠰᠣᠶᠣᠯ ᠤᠨ ᠦᠨᠡᠲᠦ ᠥᠪ ᠭᠡᠵᠦ ᠪᠦᠷᠢᠳᠬᠡᠭᠳᠡᠭᠰᠡᠨ ᠮᠣᠩᠭᠣᠯ ᠪᠢᠴᠢᠭ ᠢ ᠳᠡᠯᠡᠬᠡᠢ ᠶᠢᠨ ᠤᠯᠤᠰ ᠭᠦᠷᠦᠨ ᠪᠦᠷ ᠬᠠᠮᠠᠭᠠᠯᠠᠵᠤ ᠬᠥᠭᠵᠢᠭᠦᠯᠬᠦ ᠡᠭᠦᠷᠭᠡ ᠲᠡᠢ᠃

ᠮᠣᠩᠭᠣᠯ ᠬᠦᠮᠦᠨ ᠳᠦ ᠮᠣᠩᠭᠣᠯ ᠡᠬᠡ ᠣᠷᠣᠨ ᠨᠢ ᠪᠠᠢᠬᠤ ᠶᠣᠰᠣᠲᠠᠢ᠃ ᠮᠣᠩᠭᠣᠯ ᠬᠡᠯᠡ ᠪᠢᠴᠢᠭ ᠦᠭᠡᠢ ᠪᠣᠯ ᠮᠣᠩᠭᠣᠯ ᠬᠦᠮᠦᠨ ᠦᠭᠡᠢ᠃ ᠮᠣᠩᠭᠣᠯ ᠬᠡᠯᠡ ᠪᠢᠴᠢᠭ ᠢᠶᠡᠨ ᠬᠠᠮᠠᠭᠠᠯᠠᠵᠤ᠂ ᠮᠣᠩᠭᠣᠯ ᠬᠡᠯᠡ ᠪᠢᠴᠢᠭ ᠢᠶᠡᠨ ᠦᠷ᠎ᠡ ᠬᠣᠢᠴᠢ ᠳᠤ ᠪᠠᠨ ᠵᠢᠭᠠᠨ ᠰᠤᠷᠭᠠᠵᠤ᠂ ᠥᠪᠯᠡᠭᠦᠯᠵᠦ ᠪᠠᠢᠭ᠎ᠠ ᠮᠣᠩᠭᠣᠯ ᠬᠦᠮᠦᠨ ᠪᠦᠷᠢ ᠪᠡᠷ ᠪᠢ ᠪᠠᠬᠠᠷᠬᠠᠳᠠᠭ 《 ᠮᠣᠩᠭᠣᠯ ᠢᠶᠠᠷ ᠢᠶᠠᠨ ᠪᠠᠢᠶ᠎ᠠ 》 ᠭᠡᠵᠦ ᠳᠠᠭᠤᠯᠠᠯᠳᠤᠬᠤ ᠥᠪᠥᠷ ᠮᠣᠩᠭᠣᠯᠴᠤᠳ ᠢᠶᠠᠨ ᠬᠠᠷᠠᠭᠠᠳ ᠮᠢᠨᠦ ᠵᠢᠷᠦᠬᠡ ᠰᠡᠳᠬᠢᠯ ᠬᠠᠢᠯᠠᠳᠠᠭ᠃ ᠪᠢ ᠲᠡᠳᠡᠨ ᠢ ᠴᠢᠩ ᠵᠢᠷᠦᠬᠡᠨ ᠡᠴᠡ ᠪᠡᠨ ᠬᠠᠢᠷᠠᠯᠠᠳᠠᠭ᠃

ᠥᠨᠥᠳᠥᠷ ᠥᠪᠥᠷ ᠮᠣᠩᠭᠣᠯᠴᠤᠳ ᠢ ᠳᠡᠮᠵᠢᠬᠦ ᠳᠡᠯᠡᠬᠡᠢ ᠶᠢᠨ ᠡᠳᠦᠷ᠃ ᠪᠢ ᠨᠢᠭᠡ ᠪᠣᠯᠪᠠᠴᠤ ᠮᠣᠩᠭᠣᠯ ᠬᠦᠮᠦᠨ ᠦ ᠮᠣᠩᠭᠣᠯ ᠢᠶᠠᠷ ᠢᠶᠠᠨ ᠪᠠᠢᠬᠤ ᠡᠷᠬᠡ ᠪᠤᠤ ᠵᠥᠷᠢᠴᠡᠭᠳᠡᠭᠡᠰᠡᠢ ᠭᠡᠵᠦ ᠬᠦᠰᠡᠳᠡᠭ᠃ ᠥᠪᠥᠷ ᠮᠣᠩᠭᠣᠯᠴᠤᠳ ᠠᠶᠠᠯᠭᠤᠲᠤ ᠰᠠᠢᠬᠠᠨ ᠮᠣᠩᠭᠣᠯ ᠬᠡᠯᠡ ᠪᠡᠷ ᠢᠶᠡᠨ ᠶᠠᠷᠢᠵᠤ᠂ ᠲᠥᠷᠥᠯᠬᠢ ᠶᠢᠨ ᠪᠣᠰᠤᠭ᠎ᠠ ᠮᠣᠩᠭᠣᠯ ᠪᠢᠴᠢᠭ ᠢᠶᠡᠷ ᠢᠶᠡᠨ ᠪᠢᠴᠢᠵᠦ ᠪᠠᠢᠬᠤ ᠶᠢ ᠬᠠᠷᠠᠭᠠᠳ ᠪᠢ ᠪᠠᠬᠠᠷᠬᠠᠳᠠᠭ᠃ ᠮᠣᠩᠭᠣᠯ ᠪᠣᠯ ᠮᠣᠩᠭᠣᠯ ᠬᠦᠮᠦᠨ ᠪᠦᠷᠢ ᠶᠢᠨ ᠡᠬᠡ ᠣᠷᠣᠨ᠃ ᠮᠣᠩᠭᠣᠯ ᠮᠣᠩᠭᠣᠯ ᠢᠶᠠᠨ ᠬᠠᠢᠷᠠᠯᠠᠶ᠎ᠠ᠃ ᠡᠨᠡ ᠪᠣᠯ ᠮᠣᠩᠭᠣᠯ ᠬᠦᠮᠦᠨ ᠦ ᠶᠣᠰᠣ᠃

ᠮᠣᠩᠭᠣᠯ ᠬᠡᠯᠡ᠂ ᠮᠣᠩᠭᠣᠯ ᠪᠢᠴᠢᠭ ᠤᠷᠤᠰᠢᠬᠤ ᠴᠠᠭ ᠳᠣᠣᠷ᠎ᠠ ᠮᠣᠩᠭᠣᠯ ᠬᠦᠮᠦᠨ ᠤᠷᠤᠰᠢᠬᠤ ᠪᠣᠯᠤᠨ᠎ᠠ᠃ ᠮᠣᠩᠭᠣᠯ ᠬᠡᠯᠡ᠂ ᠮᠣᠩᠭᠣᠯ ᠪᠢᠴᠢᠭ᠂ ᠮᠣᠩᠭᠣᠯ ᠬᠦᠮᠦᠨ ᠮᠥᠩᠬᠡ ᠣᠷᠣᠰᠢᠬᠤ ᠪᠣᠯᠲᠤᠭᠠᠢ᠃ ᠬᠤᠷᠤᠢ ᠬᠤᠷᠤᠢ ᠬᠤᠷᠤᠢ᠃

mail@smn.news